5 ᠰᠠᠷ᠎ᠠ ᠶᠢᠨ 30 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ | ᠬᠤᠷᠠᠯ ᠢ ᠡᠷᠬᠢᠯᠡᠭᠰᠡᠨ ᠪᠥᠭᠡᠳ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠣᠷᠣᠪᠠ᠃ | ᠳᠥᠷᠪᠡᠨ ᠶᠡᠭᠡ ᠤᠳᠤᠷᠢᠳᠬᠤ ᠪᠠᠭ ᠤᠨ ᠭᠡᠷ ᠲᠤ ᠪᠠᠨ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ᠬᠤᠶᠠᠷ ᠳᠠᠷᠤᠭ᠎ᠠ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠢᠦ ᠬᠠᠢ ᠶᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ | ᠰᠢᠤᠢ ᠯᠢ ᠵᠢᠶᠦ᠋ᠨ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠨᠡᠶᠢᠲᠡᠯᠡᠵᠦ᠂ | ᠪᠢᠳᠡᠨ ᠤ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ | ᠪᠠᠶᠢᠯᠭᠠᠬᠤ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠭᠰᠠᠨ ᠪᠥᠭᠡᠳ ᠪᠢᠳᠡᠨ ᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ ᠳᠤ ᠦᠨᠳᠦᠰᠦᠨ | ᠵᠢᠷᠤᠮᠯᠠᠯ ᠬᠠᠩᠭᠠᠵᠠᠢ᠃ ᠪᠦᠬᠦ ᠲᠣᠭᠤᠷᠢᠭ ᠳᠠᠶᠠᠭᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠦᠬᠦ ᠲᠤᠭᠤᠷᠢᠭ ᠤᠨ ᠰᠤᠷᠲᠠᠯ ᠤᠨ | ᠪᠠᠶᠢᠭᠤᠯᠤᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ ᠭᠡᠵᠡᠢ᠃ | ᠰᠢᠤᠢ ᠯᠢ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠡᠷᠡᠭ ᠢᠶᠠᠷ ᠲᠣᠯᠢ ᠪᠣᠯᠭᠠᠵᠤ᠂ ᠲᠣᠰ | ᠪᠡᠶ᠎ᠡ ᠪᠠᠨ ᠪᠦᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ᠂ ᠭᠦᠨᠵᠡᠭᠡᠶ ᠰᠤᠷᠭᠠᠮᠵᠢ ᠠᠪᠴᠤ᠂ ᠦᠵᠡᠯ ᠰᠠᠨᠠᠭᠠᠨ ᠤ | ᠲᠠᠯ᠎ᠠ ᠪᠠᠷ ᠬᠥᠷᠲᠡᠮᠵᠢ ᠣᠯᠤᠨ᠂ ᠲᠠᠨᠢᠯᠲᠠ ᠶᠢᠨ ᠲᠠᠯ᠎ᠠ ᠪᠠᠷ ᠳᠡᠭᠡᠭᠰᠢᠯᠡᠬᠦ ᠶᠢ ᠪᠠᠲᠤᠯᠠᠵᠤ᠂ ᠡᠭᠦᠨ ᠤ ᠤᠯᠠᠮ ᠠᠴᠠ | ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠳᠦᠷᠢᠮ ᠤᠨ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠣᠰᠬᠠᠬᠤ | ᠳᠣᠲᠣᠭᠠᠳᠤ ᠬᠥᠳᠡᠯᠭᠡᠬᠦ ᠬᠦᠴᠦᠨ ᠢᠶᠠᠨ ᠬᠥᠭᠵᠢᠭᠡᠬᠦ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ︽ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ | ᠲᠥᠷᠥ︾ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠬᠠᠶᠢᠷ᠎ᠠ ᠰᠡᠳᠬᠢᠯᠭᠡ ᠪᠠᠨ ᠠᠷᠠᠳ ᠲᠦᠮᠡᠨ ᠲᠠᠢ | ᠬᠤᠯᠪᠣᠬᠤ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ᠂ ᠠᠰᠢᠭ ᠲᠤᠰᠠ ᠶᠢ ᠠᠷᠠᠳ ᠲᠤ ᠣᠯᠭᠤᠬᠤ ᠶᠢ ᠦᠨᠡᠨ | ᠬᠦ ᠪᠡᠶᠡᠯᠡᠭᠦᠯᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ | ᠺᠠᠳ᠋ᠷ ᠤᠨ ︽ᠬᠠᠷᠢᠭᠤᠴᠠᠯᠭ᠎ᠠ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠠᠵᠢᠯᠯᠠᠭ᠎ᠠ ᠶᠢᠨ ᠡᠷᠴᠢᠮ ᠢᠶᠠᠷ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠢᠩᠭ᠎ᠠ ᠱᠠᠭᠠᠷᠳᠠᠯᠭ᠎ᠠ ᠶᠢ ᠤᠯᠤᠰ ᠲᠦᠷᠦ ᠶᠢᠨ ᠠᠮᠢ | ᠠᠬᠤᠢ ᠶᠢ ᠴᠡᠪᠡᠷᠰᠢᠭᠦᠯᠬᠦ ᠠᠵᠢᠯ ᠳᠤ ᠢᠮᠠᠭᠲᠠ ᠲᠤᠭᠤᠰᠢᠯᠠᠭᠤᠯᠵᠤ᠂ ᠰᠤᠷᠲᠠᠯ ᠢᠯᠵᠢᠷᠠᠯ ᠢ ᠵᠡᠷᠭᠡᠪᠡᠷ ᠪᠠᠶᠢᠴᠠᠭᠠᠨ | ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠶᠢ ᠨᠢᠭᠡ | ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠵᠤ᠂ ᠠᠵᠢᠯ ᠬᠢᠵᠦ | ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠬᠥᠭᠵᠢᠭᠡᠵᠦ᠂ ᠰᠢᠯᠢᠳᠡᠭ ᠰᠤᠷᠲᠠᠯ ᠢᠶᠠᠷ ᠪᠦᠬᠦ | ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠳᠤ ᠣᠷᠣᠯᠴᠠᠭᠰᠠᠳ ᠬᠠᠮᠲᠤ ᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | |