ᠰᠢᠤᠢ ᠯᠢ ᠵᠢᠶᠦ᠋ᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ︔ ᠲᠥᠪ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ ᠪᠠᠶᠢᠭᠤᠯᠭ᠎ᠠ ᠶᠢᠨ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠳᠦᠷᠢᠮ︾ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︔ ︽ᠤᠯᠠᠭᠠᠨᠬᠠᠳᠠ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢ ᠤᠯᠠᠮᠵᠢᠯᠠᠨ ᠰᠤᠷᠤᠯᠴᠠᠪᠠ᠃ ᠬᠡᠰᠡᠭ ᠭᠤᠣᠯ ᠳᠤᠭᠤᠶᠢᠯᠠᠩ ᠤᠨ ᠪᠦᠷᠢᠯᠳᠦᠬᠦᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠬᠦ ᠨᠠᠮ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠠᠳ ᠣᠯᠤᠭᠰᠠᠨ ᠢᠯᠡᠳᠲᠡ ᠦᠷ᠎ᠡ ᠪᠦᠲᠦᠮᠵᠢ ᠪᠣᠯᠤᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠲᠣᠭᠤᠷᠢᠨ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠤᠷᠢᠭ᠎ᠠ ᠱᠤᠭᠤᠮ ᠢ ᠳᠠᠪᠠᠵᠤ ᠤᠯᠠᠭᠠᠨ ᠱᠤᠭᠤᠮ ᠢ ᠭᠢᠰᠬᠢᠬᠦ ᠶᠢ ᠰᠡᠷᠭᠡᠶᠢᠯᠡᠵᠦ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠪᠠᠶᠢᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠢᠳᠡ ᠵᠤᠬᠰᠤᠰᠢ ᠦᠭᠡᠢ ᠪᠠᠶᠢᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠭᠦᠷᠢᠳᠡ ᠵᠤᠬᠰᠤᠰᠢ ᠦᠭᠡᠢ ᠪᠠᠶᠢᠬᠤ ᠶᠢ ᠢᠮᠠᠭᠲᠠ ᠪᠠᠲᠤ ᠴᠡᠭᠡᠵᠢᠯᠡᠵᠦ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠢᠯᠢᠳᠡᠭ ᠰᠠᠶᠢᠨ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1