ᠵᠠᠩ ᡁᠢ ᠸᠧᠶ ᠳᠡᠭᠡᠳᠦ ᠰᠢᠯᠭᠠᠯᠲᠠ ᠶᠢᠨ ᠪᠡᠯᠡᠳᠬᠡᠯ ᠤᠨ ᠬᠤᠯᠪᠣᠭᠳᠠᠯ ᠪᠥᠬᠦᠶ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/4
   
a1_副本.jpg
       6 ᠰᠠᠷ᠎ᠠ ᠶᠢᠨ 3᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠂ ᠫᠢᠩᠵᠤᠸᠠᠩ ᠨᠡᠭᠦᠷᠡᠰᠥᠨ ᠤ ᠥᠢᠯᠡᠰ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ ᠂ ᠳᠡᠭᠡᠳᠦ ᠰᠢᠯᠭᠠᠯᠲᠠ ᠶᠢᠨ ᠪᠡᠯᠡᠳᠬᠡᠯ ᠤᠨ ᠬᠤᠯᠪᠣᠭᠳᠠᠯ ᠪᠥᠬᠦᠶ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃    ᠵᠠᠩ ᡁᠢ ᠸᠧᠢ ᠬᠤᠶᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠶᠠᠪᠤᠳᠠᠯ ᠤᠨ ᠲᠠᠰᠤᠭ᠂ ᠸᠢᠳᠢᠣ᠋ ᠶᠢᠨ ᠬᠢᠨᠠᠨ ᠡᠵᠡᠮᠳᠡᠬᠦ ᠲᠠᠰᠤᠭ᠂ ᠰᠤᠷᠤᠭᠴᠢᠳ ᠤᠨ ᠬᠤᠭᠤᠯᠠᠨ ᠭᠡᠷ ᠵᠡᠷᠭᠡ ᠵᠠᠩᠭᠢᠯᠠᠭ᠎ᠠ ᠶᠢᠨ ᠲᠠᠯᠠᠪᠠᠢ ᠶᠢ ᠨᠢᠭᠡᠳ ᠨᠢᠭᠡ ᠪᠠᠷ ᠪᠠᠶᠢᠴᠠᠭᠠᠵᠤ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ ᠰᠢᠯᠭᠠᠯᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠪᠡᠯᠡᠳᠬᠡᠯ ᠲᠥᠰᠦᠯ᠂ ᠰᠢᠯᠭᠠᠯᠲᠠ ᠶᠢᠨ ᠬᠠᠮᠢᠶ᠎ᠠ ᠪᠦᠬᠦᠢ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠠᠵᠢᠯᠯᠠᠭᠠᠨ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠵᠠᠩ ᡁᠢ ᠸᠧᠶ ᠴᠢᠬᠤᠯᠠᠴᠢᠯᠠᠭᠰᠠᠨ ᠨᠢ᠂ ᠳᠡᠭᠡᠳᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠳᠡᠭᠡᠳᠦ ᠰᠢᠯᠭᠠᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠪᠣᠯ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠴᠢᠳᠠᠪᠤᠷᠢ ᠶᠢ ᠰᠢᠯᠭᠠᠬᠤ ᠨᠢᠭᠡ ᠤᠳᠠᠭᠠᠨ ᠤ ᠶᠡᠭᠡ ᠰᠢᠯᠭᠠᠯᠲᠠ ᠮᠥᠨ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠦᠢᠯ ᠤᠨ ᠬᠠᠷᠢᠭᠤᠴᠠᠯᠭ᠎ᠠ ᠲᠠᠢ ᠣᠪᠣᠷ ᠢᠶᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠰᠢᠯᠭᠠᠯᠲᠠ ᠶᠢᠨ ᠲᠠᠯᠠᠪᠠᠶ ᠶᠢᠨ ᠠᠮᠤᠷ ᠲᠦᠪᠰᠢᠨ᠂ ᠰᠢᠯᠭᠠᠭᠤᠯᠤᠭᠴᠢ ᠶᠢᠨ ᠠᠮᠤᠷ ᠲᠦᠪᠰᠢᠨ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠵᠡᠷᠭᠡ ᠲᠣᠭᠲᠠᠴᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠰᠢᠯᠭᠠᠯᠲᠠ ᠠᠴᠠ ᠡᠮᠦᠨᠡᠬᠢ ᠰᠣᠷᠢᠯᠲᠠ ᠶᠢ ᠰᠠᠶᠢᠲᠤᠷ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠯᠳᠠᠰᠢ ᠭᠠᠷᠬᠤ ᠶᠢ ᠰᠡᠷᠭᠡᠶᠢᠯᠡᠬᠦ ᠬᠡᠷᠡᠭᠲᠡᠶ᠃ ᠳᠡᠭᠡᠳᠦ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ᠂ ᠲᠠᠭᠤ ᠱᠤᠤᠭᠢᠶᠠᠨ ᠢ ᠵᠠᠰᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠰᠢᠯᠭᠠᠯᠲᠠ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠭᠤᠯᠤᠭᠰᠠᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠢᠭᠲᠠ ᠠᠩᠬᠠᠷᠴᠤ᠂ ᠰᠢᠯᠭᠠᠭᠤᠯᠤᠭᠰᠠᠳ ᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠵᠦ᠂ ᠢᠲᠡᠭᠡᠯ ᠵᠣᠷᠢᠭ ᠢ ᠨᠢ ᠨᠡᠮᠡᠭᠳᠡᠭᠦᠯᠵᠦ᠂ ᠰᠢᠯᠭᠠᠭᠤᠯᠤᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠳᠡᠭᠡᠳᠦ ᠰᠢᠯᠭᠠᠯᠲᠠ ᠶᠢ ᠢᠳᠡᠪᠬᠢᠲᠡᠶ ᠣᠪᠣᠷ ᠢᠶᠠᠷ ᠤᠭᠲᠤᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠴᠠᠬᠢᠯᠭᠠᠨ ᠬᠦᠴᠦᠨ ᠤ ᠬᠠᠩᠭᠠᠯᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠰᠢᠯᠭᠠᠭᠤᠯᠤᠭᠴᠢ ᠳᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠪᠦᠬᠦᠯᠢ ᠡᠳᠦᠷ ᠤᠨ ᠦᠢᠯᠡᠴᠢᠯᠡᠭᠡ ᠬᠠᠩᠭᠠᠵᠤ᠂ ᠥᠷᠭᠡᠨ ᠣᠯᠠᠨ ᠰᠢᠯᠭᠠᠭᠤᠯᠤᠭᠰᠠᠳ ᠢ ᠠᠮᠤᠷ ᠲᠣᠭᠲᠠᠭᠤᠨ ᠢᠶᠠᠷ ᠰᠢᠯᠭᠠᠬᠤ ᠪᠠᠷ ᠣᠴᠢᠭᠤᠯᠵᠤ᠂ ᠰᠠᠨᠠᠭ᠎ᠠ ᠠᠮᠤᠷ ᠰᠢᠯᠭᠠᠯᠲᠠ ᠳᠤ ᠣᠷᠣᠯᠴᠠᠭᠤᠯᠬᠤ ᠬᠡᠷᠡᠭᠲᠡᠶ ᠭᠡᠵᠡᠢ᠃    ᠵᠠᠩ ᡁᠢ ᠸᠧᠶ ᠪᠠᠰᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠪᠣᠯᠤᠨ ᠬᠤᠯᠪᠣᠭᠳᠠᠯ ᠪᠥᠬᠦᠶ ᠨᠢᠭᠡᠴᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠢ ᠠᠬᠢᠭᠤᠯᠬᠤ ᠨᠢᠭᠡᠴᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠠᠰᠤ ᠴᠢᠨᠠᠷ ᠢ ᠴᠢᠩᠭ᠎ᠠ ᠡᠵᠡᠮᠳᠡᠵᠦ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1