| | | 6 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ | ᠰᠤᠷᠭᠠᠭᠤᠯᠢ ᠂ ᠫᠢᠩᠵᠤᠸᠠᠩ ᠨᠡᠭᠦᠷᠡᠰᠥᠨ ᠤ ᠥᠢᠯᠡᠰ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ | ᠂ ᠳᠡᠭᠡᠳᠦ ᠰᠢᠯᠭᠠᠯᠲᠠ ᠶᠢᠨ ᠪᠡᠯᠡᠳᠬᠡᠯ ᠤᠨ ᠬᠤᠯᠪᠣᠭᠳᠠᠯ ᠪᠥᠬᠦᠶ ᠠᠵᠢᠯ ᠢ ᠪᠠᠶᠢᠴᠠᠭᠠᠨ ᠰᠤᠳᠤᠯᠪᠠ᠃ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ᠂ ᠲᠣᠭᠤᠷᠢᠭ ᠤᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠶᠢᠴᠠᠭᠠᠨ | ᠰᠤᠳᠤᠯᠤᠯᠲᠠ ᠳᠤ ᠣᠷᠣᠯᠴᠠᠵᠠᠶ᠃ | ᠵᠠᠩ ᡁᠢ ᠸᠧᠢ ᠬᠤᠶᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠶᠠᠪᠤᠳᠠᠯ ᠤᠨ | ᠲᠠᠰᠤᠭ᠂ ᠸᠢᠳᠢᠣ᠋ ᠶᠢᠨ ᠬᠢᠨᠠᠨ ᠡᠵᠡᠮᠳᠡᠬᠦ ᠲᠠᠰᠤᠭ᠂ ᠰᠤᠷᠤᠭᠴᠢᠳ ᠤᠨ ᠬᠤᠭᠤᠯᠠᠨ ᠭᠡᠷ ᠵᠡᠷᠭᠡ ᠵᠠᠩᠭᠢᠯᠠᠭ᠎ᠠ ᠶᠢᠨ | ᠲᠠᠯᠠᠪᠠᠢ ᠶᠢ ᠨᠢᠭᠡᠳ ᠨᠢᠭᠡ ᠪᠠᠷ ᠪᠠᠶᠢᠴᠠᠭᠠᠵᠤ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ | ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ ᠰᠢᠯᠭᠠᠯᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠤᠨ ᠪᠡᠯᠡᠳᠬᠡᠯ ᠲᠥᠰᠦᠯ᠂ ᠰᠢᠯᠭᠠᠯᠲᠠ ᠶᠢᠨ ᠬᠠᠮᠢᠶ᠎ᠠ ᠪᠦᠬᠦᠢ ᠬᠠᠲᠠᠭᠤ | ᠬᠡᠷᠡᠭᠰᠡᠯ ᠤᠨ ᠲᠥᠬᠦᠭᠡᠷᠦᠮᠵᠢ ᠶᠢᠨ ᠠᠵᠢᠯᠯᠠᠭᠠᠨ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ | ᠪᠠᠶᠢᠳᠠᠯ ᠢ ᠨᠠᠷᠢᠨ ᠣᠶᠢᠯᠠᠭᠠᠪᠠ᠃ ᠵᠠᠩ ᡁᠢ ᠸᠧᠶ ᠴᠢᠬᠤᠯᠠᠴᠢᠯᠠᠭᠰᠠᠨ ᠨᠢ᠂ ᠳᠡᠭᠡᠳᠦ ᠰᠢᠯᠭᠠᠯᠲᠠ ᠨᠢ ᠲᠦᠭ ᠲᠦᠮᠡᠨ | ᠠᠶᠢᠯ ᠡᠷᠦᠬᠡ ᠲᠠᠢ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠴᠤ | ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠳᠡᠭᠡᠳᠦ ᠰᠢᠯᠭᠠᠯᠲᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠪᠣᠯ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠴᠢᠳᠠᠪᠤᠷᠢ ᠶᠢ ᠰᠢᠯᠭᠠᠬᠤ ᠨᠢᠭᠡ | ᠤᠳᠠᠭᠠᠨ ᠤ ᠶᠡᠭᠡ ᠰᠢᠯᠭᠠᠯᠲᠠ ᠮᠥᠨ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠦᠢᠯ ᠤᠨ | ᠬᠠᠷᠢᠭᠤᠴᠠᠯᠭ᠎ᠠ ᠲᠠᠢ ᠣᠪᠣᠷ ᠢᠶᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ | ᠬᠠᠮᠵᠢᠯᠴᠠᠨ᠂ ᠰᠢᠯᠭᠠᠯᠲᠠ ᠶᠢᠨ ᠲᠠᠯᠠᠪᠠᠶ ᠶᠢᠨ ᠠᠮᠤᠷ ᠲᠦᠪᠰᠢᠨ᠂ ᠰᠢᠯᠭᠠᠭᠤᠯᠤᠭᠴᠢ ᠶᠢᠨ ᠠᠮᠤᠷ ᠲᠦᠪᠰᠢᠨ ᠵᠡᠷᠭᠡ | ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ ᠠᠮᠤᠷ ᠲᠦᠪᠰᠢᠨ | ᠨᠢᠭᠤᠴᠠ ᠶᠢ ᠬᠠᠮᠠᠭᠠᠯᠠᠬᠤ ᠵᠡᠷᠭᠡ ᠲᠣᠭᠲᠠᠴᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠰᠢᠯᠭᠠᠯᠲᠠ ᠠᠴᠠ ᠡᠮᠦᠨᠡᠬᠢ | ᠰᠣᠷᠢᠯᠲᠠ ᠶᠢ ᠰᠠᠶᠢᠲᠤᠷ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠯᠳᠠᠰᠢ ᠭᠠᠷᠬᠤ ᠶᠢ | ᠰᠡᠷᠭᠡᠶᠢᠯᠡᠬᠦ ᠬᠡᠷᠡᠭᠲᠡᠶ᠃ ᠳᠡᠭᠡᠳᠦ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠵᠣᠬᠢᠶᠠᠨ | ᠪᠠᠶᠢᠭᠤᠯᠤᠯᠲᠠ᠂ ᠲᠠᠭᠤ ᠱᠤᠤᠭᠢᠶᠠᠨ ᠢ ᠵᠠᠰᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠰᠢᠯᠭᠠᠯᠲᠠ ᠶᠢᠨ ᠰᠠᠶᠢᠨ | ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠰᠢᠯᠭᠠᠯᠲᠠ ᠳᠤ ᠥᠴᠦᠬᠡᠨ ᠴᠦ ᠠᠯᠳᠠᠰᠢ ᠭᠠᠷᠭᠠᠬᠤ | ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠭᠤᠯᠤᠭᠰᠠᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠨᠢᠭᠲᠠ ᠠᠩᠬᠠᠷᠴᠤ᠂ ᠰᠢᠯᠭᠠᠭᠤᠯᠤᠭᠰᠠᠳ ᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠵᠦ᠂ ᠢᠲᠡᠭᠡᠯ | ᠵᠣᠷᠢᠭ ᠢ ᠨᠢ ᠨᠡᠮᠡᠭᠳᠡᠭᠦᠯᠵᠦ᠂ ᠰᠢᠯᠭᠠᠭᠤᠯᠤᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠳᠡᠭᠡᠳᠦ ᠰᠢᠯᠭᠠᠯᠲᠠ ᠶᠢ | ᠢᠳᠡᠪᠬᠢᠲᠡᠶ ᠣᠪᠣᠷ ᠢᠶᠠᠷ ᠤᠭᠲᠤᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠪᠥᠬᠦ | ᠲᠠᠯ᠎ᠠ ᠪᠠᠷ ᠴᠢᠩᠭᠠᠳᠬᠠᠵᠤ᠂ ᠴᠠᠬᠢᠯᠭᠠᠨ ᠬᠦᠴᠦᠨ ᠤ ᠬᠠᠩᠭᠠᠯᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ | ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ | ᠰᠢᠯᠭᠠᠭᠤᠯᠤᠭᠴᠢ ᠳᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠪᠦᠬᠦᠯᠢ ᠡᠳᠦᠷ ᠤᠨ ᠦᠢᠯᠡᠴᠢᠯᠡᠭᠡ | ᠬᠠᠩᠭᠠᠵᠤ᠂ ᠥᠷᠭᠡᠨ ᠣᠯᠠᠨ ᠰᠢᠯᠭᠠᠭᠤᠯᠤᠭᠰᠠᠳ ᠢ ᠠᠮᠤᠷ ᠲᠣᠭᠲᠠᠭᠤᠨ ᠢᠶᠠᠷ ᠰᠢᠯᠭᠠᠬᠤ ᠪᠠᠷ ᠣᠴᠢᠭᠤᠯᠵᠤ᠂ | ᠰᠠᠨᠠᠭ᠎ᠠ ᠠᠮᠤᠷ ᠰᠢᠯᠭᠠᠯᠲᠠ ᠳᠤ ᠣᠷᠣᠯᠴᠠᠭᠤᠯᠬᠤ ᠬᠡᠷᠡᠭᠲᠡᠶ ᠭᠡᠵᠡᠢ᠃ | ᠵᠠᠩ ᡁᠢ ᠸᠧᠶ ᠪᠠᠰᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ | ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠪᠣᠯᠤᠨ ᠬᠤᠯᠪᠣᠭᠳᠠᠯ ᠪᠥᠬᠦᠶ ᠨᠢᠭᠡᠴᠢ ᠶᠢᠨ ᠬᠢᠨ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠬᠢᠨᠠᠯᠲᠠ ᠲᠠᠯᠪᠢᠵᠤ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠠᠵᠢᠯ ᠢ ᠦᠷᠭᠦᠯᠵᠢᠯᠡᠨ | ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠶ᠃ ᠲᠦᠷᠦᠯ ᠵᠦᠢᠯ ᠢ ᠠᠬᠢᠭᠤᠯᠬᠤ ᠨᠢᠭᠡᠴᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠠᠰᠤ ᠴᠢᠨᠠᠷ ᠢ ᠴᠢᠩᠭ᠎ᠠ ᠡᠵᠡᠮᠳᠡᠵᠦ᠂ | ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ | ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ | |