︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠴᠢᠨ ᠶᠤᠸᠠᠨ ᠨᠡᠶᠢᠲᠡ ᠶᠢᠨ ᠣᠩᠭᠤᠨ ᠢ ᠥᠷᠭᠡᠳᠬᠡᠨ ᠪᠠᠶᠢᠭᠤᠯᠬᠤ ᠲᠥᠷᠥᠯ ᠵᠦᠢᠯ︾ ᠤᠨ ᠲᠣᠬᠠᠢ ᠰᠠᠨᠠᠯ ᠬᠤᠷᠢᠶᠠᠬᠤ ᠪᠢᠴᠢᠭ ᠤᠨ ᠬᠠᠷᠢᠭᠤ ᠲᠤᠰᠬᠠᠯ
ᠨᠡᠶᠢᠲᠡᠯᠡᠭᠰᠡᠨ ᠴᠠᠭ᠄
2025/6/4
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠬᠦ ᠠᠷᠭ᠎ᠠ︾ ᠶᠢ ᠬᠡᠪᠯᠡᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠮᠣᠩᠭᠤᠯ ᠤᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠲᠤᠬᠠᠶ ᠨᠡᠶᠢᠭᠡᠮ ᠤᠨ ᠣᠯᠠᠨ ᠨᠡᠶᠢᠲᠡ ᠶᠢᠨ ᠰᠠᠨᠠᠯ ᠪᠠ ᠬᠦᠰᠡᠯ ᠱᠠᠭᠠᠷᠳᠠᠯᠭ᠎ᠠ ᠶᠢ ᠬᠤᠷᠢᠶᠠᠬᠤ ᠶᠢᠨ ᠲᠥᠯᠥᠭᠡ 2025 ᠣᠨ ᠤ 5 ᠰᠠᠷ᠎ᠠ ᠶᠢᠨ 19 ᠤ ᠡᠳᠦᠷ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠴᠢᠨ ᠶᠤᠸᠠᠨ ᠨᠡᠶᠢᠲᠡ ᠶᠢᠨ ᠣᠩᠭᠤᠨ ᠢ ᠥᠷᠭᠡᠳᠬᠡᠨ ᠪᠠᠶᠢᠭᠤᠯᠬᠤ ᠲᠥᠷᠥᠯ ᠵᠦᠢᠯ︾ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠯᠪᠠᠨ ᠵᠠᠷ ᠢ ᠵᠠᠷᠯᠠᠨ ᠨᠡᠶᠢᠲᠡᠯᠡᠪᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2025 ᠣᠨ ᠤ 5 ᠰᠠᠷ᠎ᠠ ᠶᠢᠨ 19 ᠤ ᠡᠳᠦᠷ ᠠᠴᠠ 2025 ᠣᠨ ᠤ 6 ᠰᠠᠷ᠎ᠠ ᠶᠢᠨ 2 ᠤᠨ ᠡᠳᠦᠷ ᠪᠣᠯᠲᠠᠯ᠎ᠠ᠂ ᠵᠠᠷᠯᠠᠨ ᠨᠡᠶᠢᠲᠡᠯᠡᠭᠰᠡᠨ ᠬᠤᠭᠤᠴᠠᠭᠠᠨ ᠳᠤ ᠬᠠᠮᠢᠶ᠎ᠠ ᠪᠥᠬᠦᠶ ᠬᠠᠷᠢᠭᠤ ᠲᠤᠰᠬᠠᠭᠰᠠᠨ ᠰᠠᠨᠠᠯ ᠪᠠ ᠰᠠᠨᠠᠭᠤᠯᠭ᠎ᠠ ᠬᠤᠷᠢᠶᠠᠮᠵᠢᠯᠠᠵᠤ ᠣᠯᠤᠭᠰᠠᠨ ᠥᠬᠡᠶ᠃    ᠣᠨᠴᠠᠭᠠᠶᠢᠯᠠᠨ ᠵᠠᠷᠯᠠᠪᠠ᠃                       ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ                   ᠶᠤᠸᠠᠨ ᠪᠤᠤ ᠱᠠᠨ ᠪᠠᠯᠭᠠᠰᠤᠨ ᠤ ᠠᠷᠠᠳ ᠶᠢᠨ ᠵᠠᠰᠠᠭ ᠤᠨ ᠣᠷᠳᠣᠨ                       2025 ᠣᠨ ᠤ 6 ᠰᠠᠷ᠎ᠠ ᠶᠢᠨ 4 ᠤ ᠡᠳᠦᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1