ᠰᠢᠤᠢ ᠯᠢ ᠵᠢᠶᠦ᠋ᠨ ᠬᠦᠬᠦᠷ ᠹᠣᠰᠹᠣᠷ ᠲᠢᠲ᠋ᠠᠨ ᠲᠡᠮᠦᠷ ᠯᠢᠲ᠋ᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/5
    a1_副本.jpg
       6 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ ᠬᠦᠬᠦᠷ ᠹᠣᠰᠹᠣᠷ ᠲᠢᠲ᠋ᠠᠨ ᠲᠡᠮᠦᠷ ᠯᠢᠲ᠋ᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠶ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ ᠳᠤ᠂ ᠰᠢᠤᠢ ᠯᠢ ᠵᠢᠶᠦ᠋ᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠦᠷᠭᠦᠯᠵᠢᠯᠡᠨ ᠶᠡᠭᠡ ᠂ ᠬᠦᠴᠦᠷᠬᠡᠭ᠂ ᠰᠢᠨ᠎ᠡ᠂ ᠣᠬᠢ ᠰᠢᠯᠢᠳᠡᠭ ᠠᠷᠠᠯᠵᠢᠶᠠᠴᠢᠨ ᠢ ᠤᠷᠢᠨ ᠪᠡᠯᠡ ᠣᠷᠤᠭᠤᠯᠵᠤ᠂ ᠤᠨᠴᠠᠯᠢᠬᠳᠤ ᠠᠵᠤ ᠦᠢᠯᠡᠰ ᠤᠨ ᠲᠥᠪᠯᠡᠷᠡᠯ ᠬᠡᠯᠬᠢᠶ᠎ᠡ ᠪᠥᠷᠢᠯᠳᠥᠬᠦ ᠪᠠᠶᠢᠳᠠᠯ ᠳᠤ ᠭᠤᠣᠯ ᠰᠢᠪᠲᠤᠯᠤᠯᠲᠠ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭ᠎ᠠ ᠠᠳᠬᠤᠵᠤ᠂ ᠬᠠᠳᠠᠭᠠᠯᠠᠯᠲᠠ ᠶᠢ ᠭᠥᠢᠯᠭᠡᠭᠡᠨ ᠳᠤ ᠣᠷᠤᠭᠤᠯᠬᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠬᠤᠪᠢᠷᠠᠯᠲᠠ ᠶᠢᠨ ᠬᠡᠮᠵᠢᠶ᠎ᠡ ᠶᠢ ᠡᠷᠢᠯᠬᠢᠯᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠵᠤ᠂ ᠶᠤᠸᠠᠨ ᠪᠦᠦ ᠱᠠᠨ ᠲᠣᠭᠤᠷᠢᠭ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃    ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠳ᠋ᠠ ᠳ᠋ᠢ ᠶᠤᠸᠠᠨ ᠲᠦᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠳ᠋ᠠ ᠳ᠋ᠢ ᠶᠤᠸᠠᠨ ᠲᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠱᠦᠨ ᠱᠸᠥ ᠵᠢᠩ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠶᠤᠸᠠᠨ ᠲᠦᠩ ᠴᠠᠬᠢᠭᠤᠷ ᠵᠠᠮᠠᠭ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠹᠦ᠋ ᠳ᠋ᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠶᠧ ᠰᠢᠶᠠᠩ ᠨᠡᠶᠢᠯᠡᠮᠡᠯ ᠪᠣᠷᠳᠣᠭᠤᠷ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠰᠠᠨ ᠹᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠢᠤᠢ ᠯᠢ ᠵᠢᠶᠦ᠋ᠨ ᠦᠢᠯᠡᠳᠪᠦᠷᠢᠯᠡᠯ ᠤᠨ ᠲᠠᠰᠤᠭ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠬᠦᠬᠦᠷ ᠹᠣᠰᠹᠣᠷ ᠲᠢᠲ᠋ᠠᠨ ᠲᠡᠮᠦᠷ ᠯᠢᠲ᠋ᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠰᠢᠤᠢ ᠯᠢ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠬᠦᠷ ᠹᠣᠰᠹᠣᠷ ᠲᠢᠲ᠋ᠠᠨ ᠲᠡᠮᠦᠷ ᠯᠢᠲ᠋ᠢ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠥᠨᠳᠥᠷ ᠪᠦᠲᠦᠮᠵᠢᠲᠡᠢ ᠵᠣᠯᠭᠠᠯᠴᠠᠭ᠎ᠠ ᠶᠢ ᠠᠬᠢᠭᠤᠯᠵᠤ᠂ ᠠᠵᠤ ᠦᠢᠯᠡᠰ ᠤᠨ ᠵᠢᠷᠤᠭ ᠤᠨ ᠵᠢᠭᠰᠠᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠲᠡᠰ ᠳᠡᠪᠰᠢᠬᠦ᠂ ᠬᠡᠯᠬᠢᠶ᠎ᠡ ᠶᠢ ᠤᠷᠲᠤᠳᠬᠠᠬᠤ᠂ ᠪᠥᠭᠡᠮᠨᠡᠷᠡᠨ ᠴᠤᠭᠯᠠᠷᠠᠬᠤ ᠶᠢ ᠲᠦᠷᠭᠡᠳᠬᠡᠬᠦ ᠬᠡᠷᠡᠭᠲᠡᠢ᠃ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠶᠢᠨ ᠨᠠᠷᠢᠯᠢᠭ ᠣᠨᠤᠪᠴᠢᠲᠠᠢ ᠳᠡᠮᠵᠢᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠠᠷᠢᠨ ᠬᠢᠨᠠᠮᠠᠭᠠᠢ ᠬᠠᠷᠢᠭᠤᠯᠲᠠ ᠦᠭᠭᠦᠨ ᠠᠰᠠᠭᠤᠳᠠᠯ ᠢ ᠨᠢ ᠰᠢᠢᠳᠪᠥᠷᠢᠯᠡᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠪᠣᠯᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠵᠦ᠂ ᠦᠢᠯᠡᠳᠬᠦᠨ ᠤ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠡᠪᠴᠢᠶ᠎ᠡ ᠪᠠᠨ ᠲᠠᠰᠤᠷᠠᠯᠳᠡ ᠦᠭᠡᠢ ᠥᠷᠭᠡᠳᠬᠡᠬᠦ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1